ᠤᠨ

ᠰᠠᠷ᠎ᠠ

ᠡᠳᠤᠷ

        

ᠰᠢᠨ᠎ᠡ
ᠨᠡᠢᠲᠡᠯᠡᠭᠰᠡᠨ
ᠴᠠᠭ

2020-07-03 08:11:42                  

ᠦᠵᠡᠭᠰᠡᠨ
ᠬᠥᠮᠥᠨ

7341608         

ᠮᠤᠩᠭᠤᠯ

汉语  /
ᠬᠦᠬᠡᠬᠣᠲᠠ 2020 ᠣᠨ ᠤ ᠠᠯᠪᠠᠨ ᠮᠠᠯ ᠤᠨ ᠡᠮᠴᠢ ᠶ᠋ᠢᠨ ᠪᠣᠯᠪᠠᠰᠤᠷᠠᠭᠤᠯᠤᠯ ᠡᠷᠬᠢᠯᠡᠪᠡ

2019 ᠣᠨ ᠤ 6 ᠰᠠᠷ᠎ᠠ ᠶ᠋ᠢᠨ29 ᠡᠴᠡ30 ᠤ ᠡᠳᠦᠷ ᠂ ᠬᠦᠬᠡᠬᠣᠲᠠ ᠶ᠋ᠢᠨ ᠠᠮᠢᠲᠠᠨ ᠤ ᠡᠷᠡᠭᠦᠯ ᠬᠠᠮᠠᠭᠠᠯᠠᠯ ᠳ᠋ᠤ ᠬᠢᠨᠠᠯᠲᠠ ᠲᠠᠯᠪᠢᠬᠤ ᠭᠠᠵᠠᠷ2020 ᠣᠨ ᠤ ︽ᠬᠡᠪ ᠴᠢᠨᠠᠷ ᠢ ᠴᠢᠩᠭᠠᠳᠬᠠᠵᠤ ᠂ ᠴᠢᠳᠠᠪᠤᠷᠢ ᠶᠢ ᠳᠡᠭᠡᠭᠰᠢᠯᠡᠭᠦᠯᠬᠦ ︾ ᠠᠯᠪᠠᠨ ᠮᠠᠯ ᠤᠨ ᠡᠮᠴᠢ ᠶ᠋ᠢᠨ ᠪᠣᠯᠪᠠᠰᠤᠷᠠᠭᠤᠯᠤᠯ ᠤᠨ ᠠᠩᠭᠢ ᠡᠷᠬᠢᠯᠡᠵᠦ ᠂ ᠶᠢᠰᠦᠨ ᠬᠣᠰᠢᠭᠤ ᠰᠢᠶᠠᠨ ᠲᠣᠭᠣᠷᠢᠭ ᠵᠢᠴᠢ ᠠᠵᠤ ᠠᠬᠤᠢ ᠶ᠋ᠢᠨ ᠨᠡᠭᠡᠭᠡᠯᠲᠡ ᠶ᠋ᠢᠨ ᠣᠷᠣᠨ ᠤ45 ᠲᠤᠬᠠᠶᠢᠯᠠᠭᠰᠠᠨ ᠠᠵᠢᠯ ᠤᠨ ᠭᠣᠸᠯᠯᠠᠭᠴᠢ ᠪᠣᠯᠪᠠᠰᠤᠷᠠᠭᠤᠯᠤᠯ ᠳᠤ ᠣᠷᠣᠯᠴᠠᠪᠠ ᠃ ᠲᠣᠰ ᠤᠳᠠᠭᠠᠨ ᠤ ᠪᠣᠯᠪᠠᠰᠤᠷᠠᠭᠤᠯᠤᠯ ᠳ᠋ᠤ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠡᠷᠡᠭᠦᠯ ᠬᠠᠮᠠᠭᠠᠯᠠᠯ ᠳ᠋ᠤ ᠬᠢᠨᠠᠯᠲᠠ ᠲᠠᠯᠪᠢᠬᠤ ᠭᠠᠵᠠᠷ ᠤᠨ ᠬᠢᠵᠢᠭ ᠪᠠᠶᠢᠴᠠᠭᠠᠵᠤ ᠬᠢᠨᠠᠯᠲᠠ ᠲᠠᠯᠪᠢᠬᠤ ᠰᠠᠯᠠᠭᠠᠨ ᠤ ᠳᠠᠷᠤᠭ᠎ᠠ ᠼᠦᠢ ᠢ ᠂ ᠮᠠᠯ ᠤᠨ ᠪᠦᠲᠦᠭᠡᠭᠳᠡᠬᠦᠨ ᠤ ᠠᠮᠤᠷ ᠲᠦᠪᠰᠢᠨ ᠦ ᠬᠢᠨᠠᠯᠲᠠ ᠬᠠᠮᠢᠶᠠᠷᠤᠯᠲᠠ ᠶᠢᠨ ᠰᠠᠯᠠᠭᠠᠨ ᠤ ᠳᠠᠷᠤᠭ᠎ᠠ ᠸᠠᠩ ᠵᠠᠨ ᠪᠢᠨ ᠂ ᠮᠡᠳᠡᠭᠡ ᠵᠠᠩᠭᠢᠴᠢᠯᠯᠲᠠ ᠶᠢᠨ   ᠬᠠᠮᠢᠶᠠᠷᠤᠯᠲᠠ ᠶ᠋ᠢᠨ ᠰᠠᠯᠠᠭ᠎ᠠ ᠶ᠋ᠢᠨ ᠰᠠᠯᠠᠭᠠᠨ ᠳᠠᠷᠤᠭ᠎ᠠ ᠯᠢ ᠷᠦᠨ ᠴᠢᠩ ᠲᠣᠰ ᠲᠣᠰ ᠭᠠᠷᠤᠯᠲᠠ ᠶᠢᠨ ᠣᠷᠣᠨ ᠤ ᠬᠢᠵᠢᠭ ᠦᠨ ᠪᠠᠶᠢᠴᠠᠭᠠᠯᠲᠠ ᠪᠠ ᠨᠢᠲᠤᠯᠬᠤ ᠬᠢᠵᠢᠭ ᠦᠨ ᠪᠠᠶᠢᠴᠠᠭᠠᠯᠲᠠ ᠂ ᠮᠠᠯ ᠤᠨ ᠪᠦᠲᠦᠭᠡᠭᠳᠡᠬᠦᠨ ᠤ ᠠᠮᠤᠷ ᠲᠦᠪᠰᠢᠨ ᠵᠢᠴᠢ  ᠪᠤᠰᠤᠳ ᠣᠷᠣᠨ ᠤ ᠠᠵᠤ ᠠᠬᠤᠶᠢᠯᠠᠯ ᠳᠤ  ᠳᠠᠩᠰᠠᠯᠠᠯᠲᠠ  ᠬᠠᠩᠭᠠᠬᠤ ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠰᠦᠯᠵᠢᠶᠡᠨ ᠦ ᠮᠡᠳᠡᠭᠡ ᠵᠠᠩᠭᠢᠵᠢᠯᠲᠠ ᠶ᠋ᠢᠨ ᠬᠡᠷᠡᠭᠯᠡᠯᠲᠡ ᠵᠡᠷᠭᠡ ᠲᠠᠯ᠎ᠠ ᠪᠠᠷ ᠲᠠᠶᠢᠯᠤᠮᠵᠢ ᠬᠢᠪᠠ ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠨ ᠪᠣᠯᠪᠠᠰᠤᠷᠠᠭᠤᠯᠤᠯ ᠬᠦᠷᠲᠡᠭᠴᠢᠳ ᠢ ᠭᠠᠷᠤᠯᠲᠠ ᠶ᠋ᠢᠨ ᠣᠷᠣᠨ ᠤ ᠬᠢᠵᠢᠭ ᠦᠨ ᠪᠠᠶᠢᠴᠠᠭᠠᠯᠲᠠ ᠪᠣᠯᠤᠨ ᠨᠢᠲᠤᠯᠬᠤ ᠬᠢᠵᠢᠭ ᠦᠨ ᠪᠠᠶᠢᠴᠠᠭᠠᠯᠲᠠ ᠶᠢ ᠨᠡᠩ ᠭᠦᠨᠵᠡᠭᠡᠶ ᠣᠶᠢᠯᠠᠭᠠᠭᠤᠯᠵᠠᠶ ᠂ ︽ᠬᠠᠷ᠎ᠠ ᠮᠢᠬᠠᠵᠢᠭᠤᠯᠬᠤ ᠬᠠᠨᠳᠠ ︾ ᠶ᠋ᠢ ᠪᠠᠶᠢᠴᠠᠭᠠᠨ ᠰᠢᠯᠭᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠪᠤᠰᠤᠳ ᠣᠷᠣᠨ ᠤ ᠠᠵᠤ ᠠᠬᠤᠶᠢᠯᠠᠯ ᠳᠤ  ᠳᠠᠩᠰᠠᠯᠠᠯᠲᠠ  ᠬᠠᠩᠭᠠᠬᠤ ᠲᠤᠬᠠᠢ ᠪᠠᠰᠠ ᠲᠣᠳᠣᠷᠬᠠᠶ ᠲᠠᠨᠢᠯᠲᠠ ᠲᠠᠶ ᠪᠣᠯᠵᠠᠶ  ᠃ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠰᠦᠯᠵᠢᠶᠡᠨ ᠦ ᠮᠡᠳᠡᠭᠡ ᠵᠠᠩᠭᠢᠵᠢᠯᠲᠠ ᠶᠢᠨ ᠬᠡᠷᠡᠭᠯᠡᠭᠡ ᠶᠢ ᠨᠠᠩ ᠰᠠᠶᠢᠨ ᠡᠵᠡᠮᠰᠢᠪᠡ ᠃ ᠣᠳᠣᠬᠠᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ  ᠤᠨ ᠬᠢᠵᠢᠭ ᠦᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠬᠦᠨᠳᠦ ᠬᠡᠴᠡᠭᠦᠸ ᠪᠠᠶᠢᠬᠤ  ᠪᠠᠶᠢᠳᠠᠯ ᠢ ᠦᠨᠳᠦᠰᠦᠯᠡᠨ ᠂ ᠪᠣᠯᠪᠠᠰᠤᠷᠠᠭᠤᠯᠤᠯ  ᠠᠴᠠ ᠡᠮᠦᠨ᠎ᠡ ᠮᠠᠨ ᠤ ᠲᠣᠪᠴᠢᠶ᠎ᠠ ᠪᠣᠯᠪᠠᠰᠤᠷᠠᠭᠤᠯᠤᠯ ᠤᠨ ᠬᠤᠭᠤᠴᠠᠭᠠᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ  ᠤᠨ ᠬᠢᠵᠢᠭ ᠦᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ ᠲᠣᠭᠲᠠᠭᠠᠵᠤ᠂ ᠤᠳᠤᠷᠢᠳᠬᠤ ᠳᠤᠭᠤᠶᠢᠯᠠᠩ  ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠡᠷᠭᠡᠶᠢᠯᠡᠨ ᠡᠵᠡᠮᠳᠡᠬᠦ ᠡᠳ᠋ ᠪᠣᠳᠠᠰ ᠲᠣᠬᠢᠷᠠᠭᠤᠯᠤᠭᠰᠠᠨ ᠪᠥᠭᠡᠳ ᠪᠣᠯᠪᠠᠰᠤᠷᠠᠭᠤᠯᠤᠯ ᠳᠤ  ᠣᠷᠣᠯᠴᠠᠬᠤ ᠬᠥᠮᠦᠰ ᠲᠦ ᠠᠮᠠᠪᠴᠢ ᠂ ᠪᠡᠶ᠎ᠡ ᠶᠢᠨ ᠳᠤᠯᠠᠭᠠᠨ ᠤ ᠬᠡᠮᠵᠢᠭᠦᠷ ᠂ ᠭᠠᠷ ᠤᠬᠢᠶᠠᠬᠤ ᠰᠢᠩᠭᠡᠨ ᠲᠠᠷᠬᠠᠭᠠᠭᠰᠠᠨ ᠪᠠᠶᠢᠨ᠎ᠠ ᠃ ᠡᠭᠦᠨ ᠦ ᠬᠠᠮᠲᠤ ᠬᠤᠷᠠᠯ ᠤᠨ ᠲᠠᠯᠠᠪᠠᠢ ᠳᠤ ᠣᠷᠣᠬᠤ ᠠᠴᠠ ᠡᠮᠦᠨ᠎ᠡ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ ᠠᠵᠢᠯ ᠢ ᠴᠢᠩᠭ᠎ᠠ ᠬᠢᠵᠡᠢ᠃ ᠪᠣᠯᠪᠠᠰᠤᠷᠠᠭᠤᠯᠤᠯ  ᠦᠨ ᠬᠤᠭᠤᠴᠠᠭᠠᠨ ᠳᠤ ᠡᠷᠡᠭᠦᠯ ᠮᠡᠨᠳᠦ ᠶᠢᠨ ᠪᠠᠶᠢᠳᠠᠯ ᠂ ᠪᠡᠶ᠎ᠡ ᠶᠢᠨ ᠳᠤᠯᠠᠭᠠᠨ ᠨᠢ ᠬᠡᠪ ᠦᠨ ᠪᠤᠰᠤ ᠬᠥᠮᠦᠰ ᠪᠠᠶᠢᠬᠤ ᠶᠢ ᠣᠯᠵᠤ ᠮᠡᠳᠡᠭᠰᠡᠨ ᠦᠭᠡᠶ ᠃︵ ᠬᠢᠨᠠᠭᠴᠢ᠄ ᠸᠠᠩ ᠴᠢ ᡁᠢ︶

ᠬᠣᠶᠠᠷ ᠬᠡᠮᠵᠢᠭᠳᠡᠯᠲᠦ ᠺᠣᠳ᠋    ᠢ ᠰᠢᠷᠪᠢᠵᠤ ᠭᠠᠷ ᠮᠠᠰᠢᠨ  ᠤ ᠬᠡᠪ   ᠳ᠋ᠦ ᠨᠡᠪᠲᠡᠷᠡᠭᠡᠷᠡᠢ

ᠬᠣᠶᠠᠷ ᠬᠡᠮᠵᠢᠭᠳᠡᠯᠲᠦ ᠺᠣᠳ᠋    ᠢ ᠰᠢᠷᠪᠢᠵᠤ ᠭᠠᠷ ᠮᠠᠰᠢᠨ  ᠤ App ᠳ᠋ᠦ ᠨᠡᠪᠲᠡᠷᠡᠭᠡᠷᠡᠢ